2019 ᠣᠨ ᠤ10 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ ᠶᠢᠨ 10 ᠴᠠᠭ ᠲᠤ᠂ᠣᠷᠣᠰ ᠤᠨ ᠬᠤᠯᠪᠤᠭᠠᠨ ᠤ ᠪᠥᠭᠦᠳᠡ ᠨᠠᠶᠢᠷᠠᠮᠳᠠᠬᠤ ᠲᠣᠸᠠ ᠤᠯᠤᠰ ᠤᠨ ᠤᠯᠤᠰ ᠤᠨ ᠶᠡᠭᠡ ᠰᠤᠷᠭᠠᠭᠤᠯᠢ ᠶᠢᠨ ᠲᠡᠦᠬᠡ ᠬᠠᠭᠤᠴᠢ ᠰᠤᠳᠤᠯᠣᠯ ᠤᠨ ᠰᠠᠯᠪᠤᠷᠢ ᠶᠢᠨАйыжы Елена Валерьевна ᠪᠠᠭᠰᠢ ᠮᠠᠨ ᠤ ᠳᠡᠭᠡᠳᠦ ᠰᠤᠷᠭᠠᠭᠤᠯᠢ ᠳᠤ ᠰᠠᠭᠠᠲᠠᠵᠠᠢ᠃ ᠮᠠᠨ ᠤ ᠳᠡᠭᠡᠳᠦ ᠰᠤᠷᠭᠠᠭᠤᠯᠢ ᠶᠢᠨ ᠵᠠᠬᠢᠷᠤᠯ ᠠᠯᠲᠠᠨᠪᠤᠯᠠᠭ ᠫᠧᠷᠦᠹᠧᠰᠰᠤᠷ ᠢᠷᠡᠭᠰᠡᠨ ᠬᠦᠮᠦᠰ ᠢ ᠳᠡᠭᠡᠳᠦ ᠰᠤᠷᠭᠠᠭᠤᠯᠢ ᠶᠢᠨ ᠬᠤᠷᠠᠯ ᠤᠨ ᠭᠡᠷ ᠲᠤ ᠬᠦᠯᠢᠶᠡᠨ ᠠᠪᠴᠤ ᠠᠭᠤᠯᠵᠠᠵᠠᠢ᠃
ᠬᠤᠷᠠᠯ ᠳᠡᠭᠡᠷ᠎ᠡ ᠬᠤᠶᠠᠷ ᠲᠠᠯ᠎ᠠ ᠪᠠᠷ ᠢᠶᠠᠨ ᠰᠤᠷᠤᠭᠴᠢᠳ ᠢ ᠬᠤᠷᠰᠢᠨ ᠬᠦᠮᠦᠵᠢᠭᠦᠯᠬᠦ ᠲᠤᠬᠠᠢ ᠶᠠᠷᠢᠯᠴᠠᠵᠠᠢ᠃Айыжы Елена Валерьевна ᠪᠠᠭᠰᠢ ᠶᠢᠨ ᠦᠵᠡᠬᠦ ᠪᠠᠷ᠂ ᠬᠤᠶᠠᠷ ᠰᠤᠷᠭᠠᠭᠤᠯᠢ ᠶᠢᠨ ᠬᠤᠷᠰᠢᠨ ᠠᠵᠢᠯᠯᠠᠬᠤ ᠨᠢ ᠳᠤᠮᠳᠠᠳᠤ ᠣᠷᠣᠰ ᠬᠤᠶᠠᠷ ᠤᠯᠤᠰ ᠤᠨ ᠨᠥᠬᠦᠷᠰᠡᠭ ᠬᠠᠷᠢᠴᠠᠭ᠎ᠠ ᠶᠢ ᠠᠬᠢᠭᠤᠯᠵᠣ ᠴᠢᠳᠠᠨ᠎ᠠ ᠭᠡᠵᠠᠢ᠃ ᠠᠯᠲᠠᠨᠪᠤᠯᠠᠭ ᠫᠧᠷᠦᠹᠧᠰᠰᠤᠷ ᠪᠥᠭᠦᠳᠡ ᠨᠠᠶᠢᠷᠠᠮᠳᠠᠬᠤ ᠲᠤᠸᠠ ᠤᠯᠤᠰ ᠤᠨ ᠤᠯᠤᠰ ᠤᠨ ᠶᠡᠭᠡ ᠰᠤᠷᠭᠠᠭᠤᠯᠢ ᠲᠠᠢ ᠬᠠᠮᠲᠣᠷᠠᠨ ᠰᠤᠷᠤᠭᠴᠢᠳ ᠢ ᠬᠤᠷᠰᠢᠨ ᠬᠦᠮᠦᠵᠢᠭᠦᠯᠬᠦ ᠳᠤ ᠳᠤᠷᠠᠲᠠᠢ ᠪᠠᠶᠢᠭ᠎ᠠ ᠪᠠᠨ ᠢᠯᠡᠷᠬᠡᠶᠢᠯᠡᠬᠦ ᠶᠢᠨ ᠬᠠᠮᠲᠤ ᠲᠤᠰ ᠤᠳᠠᠭᠠᠨ ᠤ ᠠᠭᠤᠯᠵᠠᠯᠲᠠ ᠵᠢᠴᠢ ᠬᠤᠷᠰᠢᠨ ᠬᠦᠮᠦᠵᠢᠭᠦᠯᠬᠦ ᠲᠥᠰᠦᠪ ᠤᠨ ᠪᠠᠶᠢᠭᠤᠯᠤᠭᠳᠠᠭᠰᠠᠨ ᠨᠢ ᠬᠤᠶᠠᠷ ᠲᠠᠯ᠎ᠠ ᠶᠢᠨ ᠬᠤᠵᠢᠮ ᠤᠨ ᠡᠳᠦᠷ ᠤᠨ ᠨᠡᠩ ᠰᠠᠶᠢᠨ ᠰᠠᠶᠢᠬᠠᠨ ᠶᠠᠪᠤᠯᠴᠠᠭᠠᠨ ᠳᠤ ᠰᠠᠭᠤᠷᠢ ᠲᠠᠯᠪᠢᠵᠤ ᠥᠭᠴᠡᠢ ᠭᠡᠵᠡᠢ᠃