
ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠳᠥᠷᠪᠡᠳᠦᠭᠡᠷ ᠤᠳᠠᠭᠠᠨ ᠤ ︽ᠲᠦᠷᠭᠡᠨ ᠭᠤᠣᠯ︾ ᠵᠣᠬᠢᠶᠠᠨ ᠪᠢᠴᠢᠯᠭᠡ ᠶᠢᠨ ᠤᠷᠤᠯᠳᠤᠭᠠᠨ ᠤ ᠱᠠᠩᠨᠠᠯ ᠬᠦᠬᠢᠬᠦᠯᠬᠦ ᠶᠤᠰᠤᠯᠠᠯ

2019 ᠣᠨ ᠤ 9 ᠰᠠᠷ᠎ᠠ ᠶᠢᠨ 23 ᠤ ᠡᠳᠦᠷ ᠤᠨ19 ᠴᠠᠭ 45 ᠮᠢᠨᠦ᠋ᠲ ᠳᠤ᠂ ᠣᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠨᠢ ᠳᠥᠷᠪᠡᠳᠦᠭᠡᠷ ᠣᠳᠠᠭᠠᠨ ᠤ ︽ᠲᠦᠷᠭᠡᠨ ᠭᠤᠣᠯ︾ ᠵᠤᠬᠢᠶᠠᠨ ᠪᠢᠴᠢᠯᠭᠡ ᠶᠢᠨ ᠤᠷᠤᠯᠳᠤᠭᠠᠨ ᠤ ᠱᠠᠩᠨᠠᠯ ᠬᠦᠬᠢᠬᠦᠯᠬᠦ ᠶᠣᠰᠣᠯᠠᠯ ᠢ ᠡᠷᠬᠢᠯᠡᠨ ᠶᠠᠪᠣᠭᠳᠠᠭᠤᠯᠵᠠᠢ᠃

ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠵᠣᠬᠢᠶᠠᠨ ᠪᠥᠲᠦᠭᠡᠬᠦ ᠪᠠ ᠬᠠᠷᠢᠯᠴᠠᠨ ᠰᠣᠯᠢᠯᠴᠠᠬᠤ ᠲᠠᠪᠴᠠᠩ ᠬᠠᠩᠭᠠᠵᠣ᠂ ᠰᠣᠷᠣᠭᠴᠢᠳ ᠤᠨ ᠰᠤᠷᠤᠯᠭ᠎ᠠ ᠪᠣᠯᠤᠨ ᠵᠤᠬᠢᠶᠠᠨ ᠪᠥᠲᠦᠭᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠬᠠᠮᠲᠤ ᠮᠠᠨ ᠤ ᠳᠡᠭᠡᠳᠦ ᠰᠤᠷᠭᠠᠭᠤᠯᠢ ᠶᠢᠨ ᠢᠶᠠᠨ ᠰᠤᠶᠤᠯ ᠤᠨ ᠠᠭᠤᠷ ᠠᠮᠢᠰᠬᠤᠯ ᠢ ᠴᠢᠩᠭᠠᠳᠬᠠᠬᠤ ᠶᠢᠨ ᠲᠥᠯᠦᠭᠡ ᠣᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠨᠢ ᠳᠡᠭᠡᠳᠦ ᠰᠤᠷᠭᠠᠭᠤᠯᠢ ᠶᠢᠨ ᠪᠥᠬᠦ ᠰᠤᠷᠤᠭᠴᠢᠳ ᠲᠤ ᠬᠠᠨᠳᠣᠭᠤᠯᠣᠨ ︽ᠳᠥᠷᠪᠡᠳᠦᠭᠡᠷ ᠤᠳᠠᠭᠠᠨ ᠤ ᠤᠭᠰᠠᠭᠠᠲᠠᠨ ᠵᠦᠢ ᠨᠡᠶᠢᠭᠡᠮ ᠵᠦᠢ  ᠶᠢᠨ ᠳᠡᠭᠡᠳᠦ ᠰᠣᠷᠭᠠᠭᠤᠯᠢ ᠶᠢᠨ ᠨᠡᠶᠢᠭᠡᠮ ᠤᠨ ᠣᠷᠤᠯᠴᠠᠯᠭ᠎ᠠ ᠪᠣᠯᠤᠨ ᠵᠤᠬᠢᠶᠠᠨ ᠪᠥᠲᠦᠭᠡᠬᠦ ᠤᠷᠤᠯᠳᠤᠭᠠᠨ︾ ᠢ ᠡᠷᠬᠢᠯᠡᠨ ᠶᠠᠪᠤᠭᠳᠠᠭᠤᠯᠵᠠᠢ᠃ ᠳᠠᠷᠤᠢ ︽ᠲᠦᠷᠭᠡᠨ ᠭᠤᠣᠯ︾ ᠵᠣᠬᠢᠶᠠᠨ ᠪᠢᠴᠢᠯᠭᠡ ᠶᠢᠨ ᠤᠷᠤᠯᠳᠤᠭᠠᠨ ᠪᠤᠯᠤᠨ᠎ᠠ᠃ ᠲᠤᠰ ᠤᠳᠠᠭᠠᠨ ᠤ ᠵᠣᠬᠢᠶᠠᠨ ᠪᠢᠴᠢᠯᠭᠡ ᠶᠢᠨ ᠤᠷᠤᠯᠳᠤᠭᠠᠨ ᠨᠢ 2018 ᠣᠨ ᠤ10 ᠰᠠᠷ᠎ᠠ ᠠᠴᠠ ᠡᠬᠢᠯᠡᠨ ᠡᠬᠡ ᠪᠢᠴᠢᠭ ᠡᠯᠰᠡᠵᠦ᠂ 2019 ᠣᠨ ᠤ 3 ᠰᠠᠷ᠎ᠠ ᠶᠢᠨ 5 ᠪᠣᠯᠲᠠᠯ᠎ᠠ ᠡᠯᠰᠡᠵᠦ ᠳᠠᠭᠤᠰᠴᠠᠢ᠃ ᠭᠤᠷᠪᠠ ᠤᠳᠠᠭᠠᠨ ᠤ ᠬᠢᠨᠠᠯᠲᠠ ᠪᠠᠷ ᠳᠠᠮᠵᠢᠨ᠂ ᠬᠢᠨᠠᠭᠴᠢ ᠠᠴᠠ ᠱᠠᠩᠨᠠᠯ ᠬᠦᠷᠲᠡᠭᠴᠢ ᠶᠢ ᠰᠣᠩᠭᠤᠨ ᠳᠤᠭᠲᠠᠭᠠᠵᠣ᠂ 21 ᠰᠢᠯᠢᠳᠡᠭ ᠪᠥᠲᠦᠭᠡᠯ ᠢ ᠱᠠᠩᠨᠠᠨ ᠬᠦᠬᠢᠬᠦᠯᠵᠡᠢ᠃

ᠰᠣᠷᠣᠭᠴᠢᠳ ᠡᠷᠳᠡᠮ ᠰᠢᠨᠵᠢᠯᠡᠭᠡᠨ ᠤ ᠦᠭᠦᠯᠡᠯ᠂ ᠨᠡᠶᠢᠭᠡᠮ ᠤᠨ ᠪᠠᠶᠢᠴᠠᠭᠠᠯᠲᠠ ᠶᠢᠨ ᠮᠡᠳᠡᠭᠦᠯᠦᠯᠲᠡ᠂ ᠲᠣᠰᠬᠠᠢ ᠮᠡᠷᠭᠡᠵᠢᠯ ‍ᠦᠨ‌ᠨᠣᠮ ᠤᠨ ᠰᠢᠭᠦᠮᠵᠢ᠂ ᠪᠢᠴᠢᠯ ᠺᠢᠨᠣ᠋ ᠵᠢᠴᠢ ᠪᠣᠳᠠᠲᠣ ᠲᠡᠮᠳᠡᠭᠯᠡᠯ ᠤᠨ ᠭᠡᠷᠡᠯ ᠵᠢᠷᠤᠭ ᠵᠡᠷᠭᠡ ᠣᠯᠠᠨ ᠵᠦᠢᠯ ᠤᠨ ᠬᠡᠯᠪᠡᠷᠢ ᠪᠠᠷ ᠤᠷᠤᠯᠳᠤᠭᠠᠨ ᠳᠤ ᠣᠷᠣᠯᠴᠠᠵᠣ᠂ ᠬᠥᠳᠡᠯᠭᠡᠭᠡᠨ ᠤ ᠳᠤᠮᠳᠠ ᠬᠦᠮᠦᠨᠴᠢ ᠬᠠᠯᠠᠮᠵᠢᠯᠠᠯ ᠪᠣᠯᠤᠨ ᠨᠡᠶᠢᠭᠡᠮ ᠤᠨ ᠠᠵᠢᠭᠯᠠᠯᠲᠠ ᠶᠢᠨ ᠬᠠᠷᠠᠭᠠᠰᠤ ᠪᠠᠨ ᠥᠷᠭᠡᠳᠬᠡᠵᠦ᠂ ᠡᠭᠦᠨ ᠢᠶᠠᠷ ᠳᠠᠮᠵᠢᠨ ᠰᠣᠷᠣᠭᠴᠢᠳ ᠤᠨ ᠰᠡᠳᠬᠢᠨ ᠪᠣᠳᠣᠬᠤ ᠴᠢᠳᠠᠪᠣᠷᠢ ᠶᠢ ᠳᠡᠭᠡᠭᠰᠢᠯᠡᠭᠦᠯᠵᠦ᠂ ᠬᠢᠴᠢᠶᠡᠯ ᠤᠨ ᠭᠠᠳᠠᠨᠠᠬᠢ ᠠᠮᠢᠳᠣᠷᠠᠯ ᠢ ᠪᠠᠶᠠᠯᠢᠭᠵᠢᠭᠤᠯᠵᠣ ᠪᠠ ᠰᠣᠷᠣᠭᠴᠢᠳ ᠲᠤ ᠥᠪᠡᠷ ᠤᠨ ᠪᠡᠶ᠎ᠡ ᠪᠠᠨ ᠢᠯᠡᠷᠡᠭᠦᠯᠬᠦ ᠰᠢᠨ᠎ᠡ ᠲᠠᠪᠴᠠᠩ ᠢ ᠬᠠᠩᠭᠠᠵᠣ ᠥᠭᠭᠦᠭᠰᠡᠨ ᠪᠠᠶᠢᠨ᠎ᠠ᠃

ᠲᠣᠰ ᠣᠳᠠᠭᠠᠨ ᠤ ᠶᠣᠰᠣᠯᠠᠯ ᠳᠤ ᠳᠡᠭᠡᠳᠦ ᠰᠤᠷᠭᠠᠭᠤᠯᠢ ᠶᠢᠨ ᠳᠠᠷᠤᠭ᠎ᠠ ᠠᠯᠲᠠᠨᠪᠤᠯᠠᠭ᠂ ᠳᠡᠳ᠋ ᠳᠠᠷᠤᠭ᠎ᠠ ᠰᠦᠩ ᠶᠤᠸᠠᠢ ᠹᠸᠢ᠂ ᠢᠦᠢ ᠰᠢᠨ ᠯᠦᠨ᠂ ᠶᠠᠨ ᠳ᠋ᠦᠩ ᠳ᠋ᠦᠩ᠂ ᠰᠦᠷᠲᠠᠢ᠂ ᠰᠣᠷᠣᠨ᠎ᠠ ᠵᠡᠷᠭᠡ ᠪᠠᠭᠰᠢ ᠵᠢᠴᠢ 2019 ᠣᠨ ᠤ ᠣᠭᠰᠠᠭᠠᠲᠠᠨ ᠵᠦᠢ ᠨᠡᠶᠢᠭᠡᠮ ᠵᠦᠢ  ᠶᠢᠨ ᠳᠡᠭᠡᠳᠦ ᠰᠤᠷᠭᠠᠭᠤᠯᠢ ᠶᠢᠨ ᠪᠥᠬᠦ ᠰᠤᠷᠣᠭᠴᠢᠳ ᠣᠷᠤᠯᠴᠠᠵᠠᠢ᠃

 